ᠲᠣᠪᠴᠢ ᠲᠠᠨᠢᠯᠴᠠᠭᠤᠯᠭ᠎ᠠ

ᠪᠠᠭᠠᠬᠠᠩᠭᠠᠢ ᠳᠡᠭᠦᠷᠭᠡ ᠨᠢ ᠠᠩᠬ᠎ᠠ 1989 ᠣᠨ ᠳᠤ ᠤᠯᠠᠭᠠᠨᠪᠠᠭᠠᠲᠤᠷ ᠬᠣᠲᠠ ᠶᠢᠨ ᠪᠠᠭᠠᠬᠠᠩᠭᠠᠢ ᠬᠣᠷᠢᠶ᠎ᠠ ᠪᠣᠯᠤᠨ ᠪᠠᠶᠢᠭᠤᠯᠤᠭᠳᠠᠵᠤ᠂ ᠤᠯᠠᠮ ᠢᠶᠠᠷ ᠨᠡᠶᠢᠰᠯᠡᠯ ᠦᠨ ᠠᠯᠤᠰᠤᠭᠳᠠᠭᠰᠠᠨ ᠳᠡᠭᠦᠷᠭᠡ ᠪᠣᠯᠤᠨ ᠥᠷᠭᠡᠵᠢᠵᠦ᠂ ᠵᠠᠰᠠᠭ ᠵᠠᠬᠢᠷᠭᠠᠨ ᠤ 2 ᠬᠣᠷᠢᠶ᠎ᠠ ᠲᠠᠢ 750 ᠰᠢᠬᠠᠮ ᠡᠷᠦᠬᠡ ᠶᠢᠨ 3645 ᠬᠦᠮᠦᠨ ᠠᠮᠠ ᠲᠠᠢ᠃ ᠨᠡᠶᠢᠲᠡ ᠮᠠᠯ ᠤᠨ ᠲᠣᠭ᠎ᠠ 10774᠃

ᠪᠠᠭᠠᠬᠠᠩᠭᠠᠢ ᠳᠡᠭᠦᠷᠭᠡ ᠨᠢ ᠮᠣᠩᠭᠣᠯ ᠤᠯᠤᠰ ᠤᠨ ᠨᠨᠡᠶᠢᠰᠯᠡᠯ ᠤᠯᠠᠭᠠᠨᠪᠠᠭᠠᠲᠤᠷ ᠠᠴᠠ ᠵᠡᠭᠦᠨ ᠤᠷᠤᠭᠰᠢ 90 ᠺᠢᠯᠣᠮᠧᠲ᠋ᠷ ᠳᠦ᠂ ᠳᠠᠯᠠᠢ ᠶᠢᠨ ᠲᠦᠪᠰᠢᠨ ᠡᠴᠡ ᠳᠡᠭᠡᠭᠰᠢ 1614 ᠮᠧᠲ᠋ᠷ ᠡᠷᠭᠦᠭᠳᠡᠭᠰᠡᠨ 14 ᠮᠢᠩᠭᠠᠨ ᠺᠮ 2 ᠨᠤᠲᠤᠭ ᠳᠡᠪᠢᠰᠬᠡᠷ ᠲᠡᠢ᠂ ᠪᠠᠷᠠᠭᠤᠨ ᠬᠣᠶᠢᠳ ᠲᠠᠯ᠎ᠠ ᠪᠠᠷ ᠢᠶᠠᠨ ᠲᠥᠪ ᠠᠶᠢᠮᠠᠭ ᠤᠨ ᠰᠡᠷᠭᠦᠯᠡᠩ ᠰᠤᠮᠤ᠂ ᠵᠡᠭᠦᠨ ᠪᠣᠯᠤᠨ ᠤᠷᠢᠳᠤ ᠲᠠᠯ᠎ᠠ ᠪᠠᠷ ᠢᠶᠠᠨ ᠪᠠᠶᠠᠨ ᠰᠤᠮᠤ ᠲᠠᠢ ᠬᠢᠯᠢ ᠵᠠᠯᠭᠠᠨ ᠣᠷᠣᠰᠢᠳᠠᠭ᠃ ᠨᠡᠶᠢᠰᠯᠡᠯ ᠦᠨ ᠠᠯᠤᠰᠯᠠᠭᠳᠠᠭᠰᠠᠨ ᠳᠦᠭᠦᠷᠭᠡ ᠨᠦᠭᠦᠳ ᠦᠨ ᠨᠢᠭᠡ ᠶᠠᠭᠤᠮ᠎ᠠ᠃

ᠲᠤᠰ ᠳᠡᠭᠦᠷᠭᠡ ᠳᠦ ᠲᠥᠰᠦᠪ ᠲᠦ ᠪᠠᠶᠢᠭᠤᠯᠤᠯᠭ᠎ᠠ 14᠂ ᠨᠡᠶᠢᠰᠯᠡᠯ ᠦᠨ ᠥᠮᠴᠢ ᠶᠢᠨ ᠦᠢᠯᠡᠳᠪᠦᠷᠢ ᠶᠢᠨ ᠭᠠᠵᠠᠷ 4᠂ ХХК 11᠂ ᠬᠣᠷᠰᠢᠶ᠎ᠠ 2᠂ ᠨᠥᠬᠥᠷᠯᠡᠯ 2 ᠨᠡᠶᠢᠲᠡ 33 ᠪᠠᠶᠢᠭᠤᠯᠤᠯᠭ᠎ᠠ᠂ ᠠᠵᠤ ᠠᠬᠤᠢ ᠶᠢᠨ ᠨᠢᠭᠡᠴᠡ ᠦᠢᠯᠡ ᠠᠵᠢᠯᠯᠠᠭ᠎ᠠ ᠶᠠᠪᠤᠭᠤᠯᠵᠤ᠂ ᠲᠠᠲᠠᠪᠤᠷᠢ ᠶᠢᠨ ᠲᠥᠪᠯᠡᠷᠡᠭᠰᠡᠨ ᠪᠣᠯᠤᠨ ᠣᠷᠣᠨ ᠨᠤᠲᠤᠭ ᠤᠨ ᠲᠥᠰᠦᠪ ᠦᠨ ᠲᠥᠯᠦᠪᠯᠡᠭᠡ ᠶᠢ ᠪᠦᠷᠢᠳᠦᠭᠦᠯᠵᠦ ᠪᠠᠶᠢᠨ᠎ᠠ᠃

ᠪᠠᠭᠠᠬᠠᠩᠭᠠᠢ ᠳᠡᠭᠦᠷᠭᠡ ᠨᠢ ᠤᠯᠠᠭᠠᠨᠪᠠᠭᠠᠲᠤᠷ ᠬᠣᠲᠠ ᠲᠠᠢ 107 ᠺᠢᠯᠣᠮᠧᠲ᠋ᠷ ᠲᠡᠮᠦᠷ ᠵᠠᠮ ᠢᠶᠠᠷ᠂ 90 ᠺᠢᠯᠣᠮᠧᠲ᠋ᠷ ᠬᠠᠲᠠᠭᠤ ᠬᠤᠴᠢᠯᠲᠠ ᠲᠠᠢ ᠬᠠᠷ᠎ᠠ ᠵᠠᠮ ᠢᠶᠠᠷ ᠬᠣᠯᠪᠣᠭᠳᠠᠭᠰᠠᠨ ᠪᠥᠭᠡᠳ ᠲᠡᠮᠦᠷ ᠵᠠᠮ ᠤᠨ ᠥᠷᠲᠡᠭᠡᠨ ᠳᠦ ᠲᠡᠮᠦᠷ ᠵᠠᠮ ᠢᠶᠠᠷ ᠵᠢᠯ ᠳᠦ ᠪᠡᠨ 15᠂0-16᠂4 ᠲᠣᠨ ᠠᠴᠢᠶ᠎ᠠ ᠲᠡᠭᠡᠭᠡᠪᠦᠷᠢᠯᠡᠭᠦᠯᠵᠦ᠂ ᠲᠷᠠᠨᠵᠤ ᠳᠤ ᠠᠴᠢᠶ᠎ᠠ 3.7-4.1 ᠰᠠᠶ᠎ᠠ ᠲᠣᠨ ᠢ ᠳᠠᠮᠵᠢᠨ ᠥᠩᠭᠡᠷᠡᠭᠦᠯᠵᠦ ᠳᠤᠮᠳᠠᠴᠢ ᠪᠠᠷ ᠰᠠᠶ᠎ᠠ ᠣᠷᠴᠢᠮ ᠵᠣᠷᠴᠢᠭᠴᠢ ᠳᠠᠭᠠᠷᠢᠨ ᠥᠩᠭᠡᠷᠡᠳᠡᠭ 2 ᠍ ᠳᠤᠭᠠᠷ ᠵᠡᠷᠭᠡᠯᠡᠯ ᠦᠨ ᠥᠷᠲᠡᠭᠡ ᠶᠤᠮ᠃

ᠳᠡᠭᠦᠷᠭᠡ ᠶᠢᠨ ᠡᠷᠴᠢᠮ ᠬᠦᠴᠦᠨ ᠦ ᠭᠣᠣᠯ ᠡᠬᠢ ᠡᠭᠦᠰᠪᠦᠷᠢ ᠨᠢ ᠴᠠᠬᠢᠯᠭᠠᠨ ᠡᠷᠴᠢᠮ ᠬᠦᠴᠢ ᠪᠥᠭᠡᠳ ᠲᠥᠪ ᠦᠨ ᠡᠷᠴᠢᠮ ᠬᠦᠴᠦᠨ ᠦ ᠨᠢᠭᠡᠳᠦᠭᠰᠡᠨ ᠰᠦᠯᠵᠢᠶᠡᠨ ᠳᠦ ᠬᠣᠯᠪᠣᠭᠳᠠᠭᠰᠠᠨ 35.0 ᠺᠢᠯᠣᠸᠣᠯᠲ᠋ ᠍ ᠤᠨ 200.0 ᠺᠢᠯᠣᠮᠧᠲ᠋ᠷ ᠤᠷᠲᠤ ᠴᠠᠬᠢᠯᠭᠠᠨ ᠳᠠᠮᠵᠢᠭᠤᠯᠬᠤ ᠱᠤᠭᠤᠮ ᠲᠠᠢ᠂ 2500 ᠺᠢᠯᠣᠸᠣᠯᠲ᠋ ᠍ ᠤᠨ ᠬᠦᠴᠦᠨ ᠴᠢᠳᠠᠯ ᠲᠠᠢ 4 ᠍ ᠤᠨ ᠳᠡᠳ᠋ ᠰᠲ᠋ᠠᠨᠼ ᠡᠵᠡᠮᠰᠢᠨ ᠡᠷᠴᠢᠮ ᠬᠦᠴᠢ ᠪᠡᠷ ᠵᠢᠯ ᠳᠦ ᠪᠡᠨ 160 ᠰᠠᠶ᠎ᠠ ᠲᠥᠭᠦᠷᠢᠭ ᠦᠨ ᠪᠣᠷᠣᠯᠠᠭᠤᠯᠤᠯᠲᠠ ᠬᠢᠵᠦ ᠪᠠᠶᠢᠨ᠎ᠠ᠃

ᠲᠤᠰ ᠳᠡᠭᠦᠷᠭᠡ ᠨᠢ ᠮᠣᠩᠭᠣᠯ ᠤᠨ ᠲᠡᠮᠦᠷ ᠵᠠᠮ ᠤᠨ ᠳᠠᠭᠠᠤ ᠲᠠᠯᠪᠢᠭᠳᠠᠭᠰᠠᠨ ᠰᠢᠯᠢᠨ ᠺᠠᠪᠧᠯ ᠲᠠᠢ ᠬᠣᠯᠪᠣᠭᠳᠠᠭᠰᠠᠨ ᠪᠥᠭᠡᠳ АТС ᠍ ᠤᠨ ᠪᠣᠯᠤᠨ GSM ᠰᠢᠰᠲ᠋ᠧᠮ ᠦᠨ ᠡᠭᠦᠷ ᠦᠨ ᠲᠧᠯᠧᠹᠣᠨ ᠠᠰᠢᠭᠯᠠᠬᠤ ᠪᠥᠷᠢᠨ ᠪᠣᠯᠤᠮᠵᠢ ᠲᠠᠢ᠂ 10 ᠸᠠᠲ ᠤᠨ ᠴᠢᠳᠠᠯ ᠪᠦᠬᠦᠢ ᠢᠨᠲ᠋ᠧᠯᠰᠠᠲ ᠰᠢᠰᠲ᠋ᠧᠮ ᠢᠶᠡᠷ ᠲᠧᠯᠧᠸᠢᠰ ᠦᠨ ᠨᠡᠪᠲᠡᠷᠡᠭᠦᠯᠭᠡ ᠬᠦᠯᠢᠶᠡᠨ ᠠᠪᠳᠠᠭ᠃