ᠨᠢᠭᠡ ᠍ ᠳᠦᠭᠡᠷ ᠬᠣᠷᠢᠶ᠎ᠠ

ᠨᠡᠶᠢᠰᠯᠡᠯ ᠦᠨ ᠪᠠᠭᠠᠬᠠᠩᠭᠠᠢ ᠳᠡᠭᠦᠷᠭᠡ ᠶᠢᠨ 1 ᠳ᠋ᠦ᠋ᠭᠡᠷ ᠬᠣᠷᠢᠶ᠎ᠠ ᠨᠢ ᠮᠣᠩᠭᠣᠯ ᠤᠯᠤᠰ ᠤᠨ ᠵᠠᠰᠠᠭ ᠵᠠᠬᠢᠷᠭ᠎ᠠ ᠨᠤᠲᠤᠭ ᠳᠡᠪᠢᠰᠬᠡᠷ ᠦᠨ ᠨᠢᠭᠡᠴᠡ᠂ ᠲᠡᠭᠦᠨ ᠦ ᠤᠳᠤᠷᠢᠳᠤᠯᠭ᠎ᠠ ᠶᠢᠨ ᠲᠤᠬᠠᠢ ᠬᠠᠤᠯᠢ ᠶᠢᠨ ᠳᠠᠭᠠᠤ 1992 ᠣᠨ ᠳᠤ ᠠᠩᠬ᠎ᠠ ᠪᠠᠶᠢᠭᠤᠯᠤᠭᠳᠠᠭᠰᠠᠨ᠃ ᠲᠤᠰ ᠬᠣᠷᠢᠶ᠎ᠠ ᠨᠢ 8.0 ᠮᠢᠩᠭᠠᠨ ᠭᠠ ᠭᠠᠵᠠᠷ ᠨᠤᠲᠤᠭ ᠲᠠᠢ ᠵᠡᠭᠦᠨ ᠬᠣᠶᠢᠳ ᠪᠣᠯᠤᠨ ᠬᠣᠶᠢᠳ ᠲᠠᠯ᠎ᠠ ᠪᠠᠷ ᠢᠶᠠᠨ ᠲᠥᠪ ᠠᠶᠢᠮᠠᠭ ᠤᠨ ᠰᠡᠷᠭᠦᠯᠡᠩ ᠰᠤᠮᠤ᠂ ᠵᠡᠭᠦᠨ ᠲᠠᠯ᠎ᠠ ᠪᠠᠷ ᠢᠶᠠᠨ ᠪᠠᠭᠠᠬᠠᠩᠭᠠᠢ ᠳᠡᠭᠦᠷᠭᠡ ᠶᠢᠨ 2 ᠳ᠋ᠤᠭᠠᠷ ᠬᠣᠷᠢᠶ᠎ᠠ᠂ ᠵᠡᠭᠦᠨ ᠤᠷᠢᠳᠤ ᠲᠠᠯ᠎ᠠ ᠪᠠᠷ ᠢᠶᠠᠨ ᠲᠥᠪ ᠠᠶᠢᠮᠠᠭ ᠤᠨ ᠪᠠᠶᠠᠨ ᠰᠤᠮᠤ ᠲᠠᠢ ᠬᠢᠯᠢᠯᠡᠨ ᠲᠠᠯ᠎ᠠ ᠬᠡᠭᠡᠷ᠎ᠡ ᠶᠢᠨ ᠪᠦᠰᠡ ᠳᠦ ᠣᠷᠣᠰᠢᠳᠠᠭ᠃

ᠲᠤᠰ ᠬᠣᠷᠢᠶᠠᠨ ᠳᠤ 719 ᠡᠷᠦᠬᠡ ᠶᠢᠨ 2503 ᠬᠦᠮᠦᠨ ᠠᠮᠠ ᠲᠠᠢ᠃ 2022 ᠣᠨ ᠤ ᠡᠴᠦᠰ ᠲᠦ 16731 ᠲᠣᠯᠣᠭᠠᠢ ᠮᠠᠯ ᠲᠣᠭᠠᠯᠠᠭᠳᠠᠭᠰᠠᠨ᠃

ᠨᠤᠲᠤᠭ ᠳᠡᠪᠢᠰᠬᠡᠷ ᠦᠨ 515.5 ᠭᠠ ᠪᠤᠶᠤ 4.3% ᠍ ᠳᠦ ᠬᠦᠮᠦᠨ ᠠᠮᠠ ᠰᠠᠭᠤᠷᠢᠰᠢᠭᠰᠠᠨ ᠠᠴᠠ 2022 ᠣᠨ ᠤ ᠡᠴᠦᠰ ᠢᠶᠡᠷ ᠬᠥᠳᠡᠯᠮᠦᠷᠢ ᠶᠢᠨ ᠨᠠᠰᠤᠨ ᠤ ᠬᠦᠮᠦᠨ 1345 ᠪᠤᠶᠤ 53.7% ᠍ ᠶᠢ ᠡᠵᠡᠯᠡᠵᠦ ᠪᠠᠶᠢᠨ᠎ᠠ᠃ ᠬᠣᠷᠢᠶᠠᠨ ᠤ ᠬᠦᠮᠦᠨ ᠠᠮᠠ ᠶᠢᠨ 168 ᠢᠷᠭᠡᠨ ᠬᠥᠳᠡᠯᠮᠦᠷᠢ ᠡᠷᠬᠢᠯᠡᠳᠡᠭ ᠦᠭᠡᠢ᠂ 49 ᠬᠥᠭᠵᠢᠯ ᠦᠨ ᠪᠡᠷᠬᠡᠰᠢᠶᠡᠯᠲᠡᠢ ᠢᠷᠭᠡᠨ᠂ ᠣᠶᠤᠲᠠᠨ 87᠂ ᠠᠬᠠᠮᠠᠳ ᠨᠠᠰᠤᠲᠠᠨ 310 ᠪᠠᠶᠢᠨ᠎ᠠ᠃

ᠬᠣᠷᠢᠶ᠎ᠠ ᠨᠢ ᠵᠠᠰᠠᠭ ᠵᠠᠬᠢᠷᠭᠠᠨ ᠤ ᠬᠤᠪᠢ ᠳᠤ ᠵᠠᠰᠠᠭ ᠳᠠᠷᠤᠭ᠎ᠠ᠂ ᠵᠣᠬᠢᠶᠠᠨ ᠪᠠᠶᠢᠭᠤᠯᠤᠭᠴᠢ᠂ ᠨᠡᠶᠢᠭᠡᠮ ᠤᠨ ᠠᠵᠢᠯᠲᠠᠨ᠂ ᠣᠯᠠᠨ ᠨᠡᠶᠢᠲᠡ ᠶᠢᠨ ᠪᠠᠶᠢᠴᠠᠭᠠᠭᠴᠢ᠂ ᠬᠡᠰᠡᠭ ᠦᠨ ᠠᠬᠠᠯᠠᠭᠴᠢ᠂ ᠦᠢᠯᠡᠴᠢᠯᠡᠭᠴᠢ ᠭᠡᠰᠡᠨ ᠪᠦᠷᠢᠯᠳᠦᠬᠦᠨ ᠲᠡᠢ ᠦᠢᠯᠡ ᠠᠵᠢᠯᠯᠠᠭ᠎ᠠ ᠶᠠᠪᠤᠭᠤᠯᠳᠠᠭ᠃


ᠬᠣᠷᠢᠶ᠎ᠠ ᠨᠢ ᠲᠥᠷᠦ ᠶᠢᠨ ᠦᠢᠯᠡᠴᠢᠯᠡᠭᠡ ᠶᠢ ᠢᠷᠭᠡᠳ ᠲᠦ ᠴᠢᠨᠠᠷ ᠬᠦᠷᠲᠡᠭᠡᠮᠵᠢ ᠲᠡᠢ ᠬᠦᠷᠭᠡᠨ ᠠᠵᠢᠯᠯᠠᠵᠤ ᠢᠷᠡᠭᠰᠡᠨ ᠢᠶᠡᠷ ᠨᠡᠶᠢᠰᠯᠡᠯ ᠳᠡᠭᠦᠷᠭᠡ ᠳᠦ ᠠᠵᠢᠯ ᠦᠢᠯᠡᠰ ᠢᠶᠡᠷ ᠢᠶᠡᠨ ᠮᠠᠩᠯᠠᠶᠢᠯᠠᠨ ᠱᠠᠩᠨᠠᠯ ᠤᠳ ᠠᠴᠠ ᠳᠤᠷᠠᠳᠪᠠᠯ 2018᠂ 2019 ᠣᠨ ᠨᠤᠭᠤᠳ ᠲᠤ ᠨᠡᠶᠢᠰᠯᠡᠯ ᠦᠨ 《ᠮᠠᠨ ᠤ ᠬᠣᠷᠢᠶ᠎ᠠ-ᠮᠢᠨᠤ ᠭᠤᠳᠤᠮᠵᠢ》 ᠠᠶᠠᠨ ᠤ ᠲᠤᠰᠬᠠᠢ ᠪᠠᠶᠢᠷᠢ᠂ 2019 ᠣᠨ ᠤ 《ᠨᠡᠶᠢᠰᠯᠡᠯ ᠦᠨ ᠢᠷᠭᠡᠳ ᠦᠨ ᠰᠫᠣᠷᠲ ᠤᠨ VII ᠨᠠᠭᠠᠳᠤᠮ》 ᠍ ᠢ ᠠᠮᠵᠢᠯᠲᠠᠲᠠᠢ ᠵᠣᠬᠢᠶᠠᠨ ᠪᠠᠶᠢᠭᠤᠯᠵᠤ ᠰᠢᠯᠢᠳᠡᠭ ᠬᠣᠷᠢᠶ᠎ᠠ᠂ 2019 ᠣᠨ ᠤ ᠨᠡᠶᠢᠰᠯᠡᠯ ᠦᠨ 《ᠡᠷᠡᠰᠳᠡᠯ ᠦᠭᠡᠢ ᠡᠷᠦᠬᠡ-ᠠᠶᠤᠯ ᠦᠭᠡᠢ ᠬᠥᠷᠰᠢ》 ᠠᠶᠠᠨ ᠤ ᠲᠤᠰᠬᠠᠢ ᠪᠠᠶᠢᠷᠢ᠂ 2020 ᠣᠨ ᠤ 《ᠨᠢᠭᠡ ᠬᠣᠲᠠ-ᠨᠢᠭᠡ ᠰᠲ᠋ᠠᠨᠳᠠᠷᠲ》 ᠪᠣᠯᠵᠣᠯᠲᠤ ᠤᠷᠤᠯᠳᠤᠭᠠᠨ ᠳᠤ ᠨᠡᠶᠢᠰᠯᠡᠯ ᠦᠨ 《ᠬᠡᠰᠡᠭ ᠦᠨ ᠠᠬᠠᠯᠠᠭᠴᠢ ᠨᠠᠷ ᠤᠨ ᠲᠡᠷᠢᠭᠦᠨ ᠦ ᠪᠠᠭ》᠂ 2022 ᠣᠨ ᠤ 《ᠮᠠᠨ ᠤ ᠬᠣᠷᠢᠶ᠎ᠠ-ᠮᠢᠨᠤ ᠭᠤᠳᠤᠮᠵᠢ》 ᠠᠶᠠᠨ ᠳᠤ ᠠᠮᠵᠢᠯᠲᠠᠲᠠᠢ ᠣᠷᠣᠯᠴᠠᠵᠤ 《ᠰᠢᠯᠢᠳᠡᠭ ᠣᠷᠣᠨ ᠰᠠᠭᠤᠴᠠ》 ᠲᠥᠷᠦᠯ ᠳᠦ ᠲᠤᠰᠬᠠᠢ ᠪᠠᠶᠢᠷᠢ᠂ ᠢᠷᠭᠡᠨ ᠨ ∙ ᠪᠢᠮᠪᠠᠵᠠᠪ ᠤᠨ ᠭᠡᠷ ᠪᠦᠯᠢ 《ᠰᠢᠯᠢᠳᠡᠭ ᠡᠷᠦᠬᠡ》᠂ 2022 ᠣᠨ ᠤ 《ᠰᠢᠯᠢᠳᠡᠭ ᠬᠣᠷᠢᠶ᠎ᠠ-ᠬᠡᠰᠡᠭ ᠦᠨ ᠠᠬᠠᠯᠠᠭᠴᠢ ᠨᠠᠷ ᠤᠨ ᠰᠢᠯᠢᠳᠡᠭ ᠪᠠᠭ》 ᠰᠢᠯᠭᠠᠷᠠᠭᠤᠯᠬᠤ ᠪᠣᠯᠵᠣᠯᠲᠤ ᠤᠷᠤᠯᠳᠤᠭᠠᠨ ᠳᠤ 《ᠬᠡᠰᠡᠭ ᠦᠨ ᠠᠬᠠᠯᠠᠭᠴᠢ ᠨᠠᠷ ᠤᠨ ᠰᠢᠯᠢᠳᠡᠭ ᠪᠠᠭ》 ᠍ ᠪᠠᠷ ᠲᠤᠰ ᠲᠤᠰ ᠰᠢᠯᠭᠠᠷᠠᠨ ᠠᠮᠵᠢᠯᠲᠠ ᠲᠠᠢ ᠠᠵᠢᠯᠯᠠᠵᠤ ᠢᠷᠡᠭᠰᠡᠨ᠃


ᠮᠣᠩᠭᠣᠯ ᠤᠯᠤᠰ ᠤᠨ ᠦᠨᠳᠦᠰᠦᠨ ᠬᠠᠤᠯᠢ ᠪᠣᠯᠤᠨ ᠪᠤᠰᠤᠳ ᠬᠠᠤᠯᠢ ᠲᠣᠭᠲᠠᠭᠠᠮᠵᠢ ᠶᠢ ᠬᠡᠷᠡᠭᠵᠢᠭᠦᠯᠦᠨ ᠲᠥᠷᠦ ᠶᠢᠨ ᠦᠢᠯᠡᠴᠢᠯᠡᠭᠡ ᠶᠢ ᠢᠷᠭᠡᠳ ᠲᠦ ᠬᠥᠩᠭᠡᠨ ᠰᠢᠭᠤᠷᠬᠠᠢ ᠬᠦᠷᠭᠡᠵᠦ᠂ ᠲᠡᠳᠡᠨ ᠢ ᠠᠶᠤᠯ ᠦᠭᠡᠢ᠂ ᠡᠷᠡᠭᠦᠯ᠂ ᠲᠠᠭᠠᠲᠠᠢ ᠣᠷᠴᠢᠨ ᠳᠤ ᠠᠵᠢᠯᠯᠠᠵᠤ ᠠᠮᠢᠳᠤᠷᠠᠬᠤ ᠨᠥᠬᠥᠴᠡᠯ ᠢ ᠪᠦᠷᠢᠳᠦᠭᠦᠯᠬᠦ ᠳᠦ ᠣᠷᠣᠰᠢᠨ᠎ᠠ᠃


ᠮᠣᠩᠭᠣᠯ ᠤᠯᠤᠰ ᠤᠨ ᠵᠠᠰᠠᠭ ᠤᠨ ᠭᠠᠵᠠᠷ ᠤᠨ ᠲᠣᠭᠲᠠᠭᠠᠯ ᠰᠢᠢᠳᠪᠦᠷᠢ᠂ ᠨᠡᠶᠢᠰᠯᠡᠯ᠂ ᠳᠡᠭᠦᠷᠭᠡ ᠶᠢᠨ ᠵᠠᠰᠠᠭ ᠳᠠᠷᠤᠭ᠎ᠠ ᠶᠢᠨ ᠮᠥᠷ ᠦᠨ ᠬᠥᠲᠥᠯᠪᠦᠷᠢ ᠶᠢ ᠬᠡᠷᠡᠭᠵᠢᠭᠦᠯᠬᠦ᠂ ᠮᠣᠩᠭᠣᠯ ᠤᠯᠤᠰ ᠤᠨ ᠦᠨᠳᠦᠰᠦᠨ ᠬᠠᠤᠯᠢ ᠪᠣᠯᠤᠨ ᠪᠤᠰᠤᠳ ᠬᠠᠤᠯᠢ ᠲᠣᠭᠲᠠᠭᠠᠮᠵᠢ ᠶᠢ ᠬᠡᠷᠡᠭᠵᠢᠭᠦᠯᠬᠦ᠂ ᠰᠤᠷᠲᠠᠯᠴᠢᠯᠠᠬᠤ᠂ ᠬᠣᠯᠪᠣᠭᠳᠠᠬᠤ ᠪᠠᠶᠢᠭᠤᠯᠤᠯᠭ᠎ᠠ ᠨᠤᠭᠤᠳ ᠲᠠᠢ ᠬᠠᠮᠲᠤᠷᠠᠨ ᠠᠵᠢᠯᠯᠠᠬᠤ᠂ ᠬᠣᠷᠢᠶᠠᠨ ᠤ ᠨᠡᠶᠢᠲᠡ ᠢᠷᠭᠡᠳ ᠲᠦ ᠲᠥᠷᠥ ᠶᠢᠨ ᠦᠢᠯᠡᠴᠢᠯᠡᠭᠡ ᠶᠢ ᠴᠢᠨᠠᠷᠲᠠᠢ ᠬᠦᠷᠭᠡᠬᠦ᠂ ᠲᠡᠳᠡᠭᠡᠷ ᠦᠨ ᠡᠷᠭᠦᠳᠡᠯ᠂ ᠭᠣᠮᠣᠳᠠᠯ᠂ ᠰᠠᠨᠠᠯ᠂ ᠲᠡᠳᠡᠭᠡᠷ ᠲᠦ ᠲᠤᠯᠭᠠᠮᠳᠠᠵᠤ ᠪᠤᠢ ᠠᠰᠠᠭᠤᠳᠠᠯ ᠢ ᠲᠣᠳᠣᠷᠬᠠᠶᠢᠯᠠᠵᠤ ᠰᠢᠢᠳᠪᠦᠷᠢᠯᠡᠭᠦᠯᠬᠦ᠂ ᠨᠡᠶᠢᠭᠡᠮ ᠤᠨ ᠬᠡᠪ ᠵᠢᠷᠤᠮ ᠢ ᠰᠠᠬᠢᠭᠤᠯᠵᠤ᠂ ᠭᠡᠮᠲᠦ ᠬᠡᠷᠡᠭ ᠡᠴᠡ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠵᠣᠬᠢᠶᠠᠨ ᠪᠠᠶᠢᠭᠤᠯᠬᠤ᠂ ᠨᠡᠶᠢᠭᠡᠮ ᠤᠨ ᠬᠠᠯᠠᠮᠵᠢ ᠳᠡᠮᠵᠢᠯᠭᠡ ᠱᠠᠭᠠᠷᠳᠠᠯᠭ᠎ᠠ ᠲᠠᠢ ᠢᠷᠭᠡᠳ ᠢ ᠵᠥᠪ ᠲᠣᠳᠣᠷᠬᠠᠶᠢᠯᠠᠨ ᠵᠠᠭᠤᠴᠢᠯᠠᠬᠤ᠂ ᠢᠷᠭᠡᠳ ᠦᠨ ᠡᠷᠦᠬᠡ ᠶᠢᠨ ᠠᠮᠢᠵᠢᠷᠠᠭ᠎ᠠ ᠶᠢ ᠳᠡᠭᠡᠭᠰᠢᠯᠡᠭᠦᠯᠬᠦ᠂ ᠬᠣᠷᠢᠶᠠᠨ ᠤ ᠲᠣᠬᠢᠵᠢᠯᠲᠠ ᠰᠣᠶᠣᠯᠵᠢᠯᠲᠠᠳ ᠠᠩᠬᠠᠷᠴᠤ ᠠᠵᠢᠯᠯᠠᠬᠤ ᠴᠢᠭᠯᠡᠯ ᠢᠶᠡᠷ ᠦᠢᠯᠡ ᠠᠵᠢᠯᠯᠠᠭ᠎ᠠ ᠶᠢ ᠪᠠᠨ ᠴᠢᠭᠯᠡᠭᠦᠯᠦᠨ ᠠᠵᠢᠯᠯᠠᠵᠤ ᠢᠷᠡᠭᠰᠡᠨ᠃


ᠮᠠᠨ ᠤ ᠬᠠᠮᠲᠤ ᠣᠯᠠᠨ 2023 ᠣᠨ ᠤ ᠵᠣᠷᠢᠯᠲᠠ᠂ ᠲᠡᠭᠦᠨ ᠢ ᠬᠡᠷᠡᠭᠵᠢᠭᠦᠯᠬᠦ ᠦᠢᠯᠡ ᠠᠵᠢᠯᠯᠠᠭᠠᠨ ᠤ 5 ᠪᠦᠯᠦᠭ 55 ᠵᠢᠭᠠᠯᠲᠠ ᠪᠦᠬᠦᠢ ᠲᠥᠯᠥᠪᠯᠡᠭᠡ ᠭᠠᠷᠭᠠᠨ ᠬᠡᠷᠡᠭᠵᠢᠭᠦᠯᠵᠦ᠂ ᠳᠠᠷᠠᠭᠠᠬᠢ ᠦᠨᠳᠦᠰᠦᠨ ᠵᠣᠷᠢᠯᠲᠠ ᠨᠤᠭᠤᠳ ᠢ ᠳᠡᠪᠰᠢᠭᠦᠯᠦᠨ ᠠᠵᠢᠯᠯᠠᠵᠤ ᠪᠠᠶᠢᠨ᠎ᠠ᠃

ᠲᠥᠷᠥ ᠶᠢᠨ ᠦᠢᠯᠡᠴᠢᠯᠡᠭᠡ ᠶᠢ ᠢᠷᠭᠡᠳ ᠲᠦ ᠬᠦᠨᠳᠦ ᠰᠤᠷᠲᠠᠯ ᠴᠢᠷᠦᠭᠳᠡᠯ ᠭᠦᠢ ᠬᠥᠩᠭᠡᠨ ᠰᠢᠭᠤᠷᠬᠠᠢ ᠬᠦᠷᠭᠡᠬᠦ
ᠠᠵᠠ ᠵᠢᠷᠭᠠᠯᠲᠠᠢ ᠬᠣᠲᠠ ᠶᠢᠨ ᠢᠨᠳᠧᠺᠰ ᠦᠨ ᠦᠵᠡᠭᠦᠯᠦᠯᠲᠡ ᠨᠦᠭᠦᠳ ᠢ ᠰᠠᠶᠢᠵᠢᠷᠠᠭᠤᠯᠬᠤ
ᠬᠣᠷᠢᠶᠠᠨ ᠤ ᠨᠣᠭᠣᠭᠠᠨ ᠪᠠᠶᠢᠭᠤᠯᠤᠮᠵᠢ ᠶᠢ 10 ᠍ ᠠᠴᠠ ᠳᠣᠭᠣᠭᠰᠢ ᠦᠭᠡᠢ ᠬᠤᠪᠢᠶᠠᠷᠢ ᠨᠡᠮᠡᠭᠳᠡᠭᠦᠯᠬᠦ
ᠭᠡᠮᠲᠦ ᠬᠡᠷᠡᠭ ᠦᠨ ᠭᠠᠷᠤᠯᠲᠠ ᠶᠢ ᠪᠠᠭᠤᠷᠠᠭᠤᠯᠬᠤ ᠭᠡᠰᠡᠨ ᠵᠣᠷᠢᠯᠲᠠ ᠨᠤᠭᠤᠳ ᠢ ᠲᠠᠯᠪᠢᠨ ᠠᠵᠢᠯᠯᠠᠵᠤ ᠪᠠᠶᠢᠨ᠎ᠠ᠃