ᠡᠮᠡᠭᠡᠯᠲᠦ ᠡᠺᠣ ᠠᠵᠤ ᠦᠢᠯᠡᠳᠪᠦᠷᠢ ᠶᠢᠨ ᠫᠠᠷᠺ ᠢ ᠲᠦᠰᠢᠭᠯᠡᠨ ᠬᠥᠳᠡᠭᠡ ᠠᠵᠤ ᠠᠬᠤᠢ ᠶᠢᠨ ᠺᠯᠠᠰᠲ᠋ᠸᠷ ᠢ ᠬᠥᠭᠵᠢᠭᠦᠯᠦᠨ᠎ᠡ

ᠡᠮᠡᠭᠡᠯᠲᠦ ᠡᠺᠣ ᠠᠵᠤ ᠦᠢᠯᠡᠳᠪᠦᠷᠢ ᠶᠢᠨ ᠫᠠᠷᠺ ᠢ ᠲᠦᠰᠢᠭᠯᠡᠨ ᠬᠥᠳᠡᠭᠡ ᠠᠵᠤ ᠠᠬᠤᠢ ᠶᠢᠨ ᠺᠯᠠᠰᠲ᠋ᠸᠷ ᠢ ᠬᠥᠭᠵᠢᠭᠦᠯᠦᠨ᠎ᠡ
ᠨᠡᠶᠢᠰᠯᠡᠯ ᠦᠨ ᠵᠠᠰᠠᠭ ᠳᠠᠷᠤᠭ᠎ᠠ ᠪᠥᠭᠡᠳ ᠤᠯᠠᠭᠠᠨᠪᠠᠭᠠᠲᠤᠷ ᠬᠣᠲᠠ ᠶᠢᠨ ᠵᠠᠬᠢᠷᠤᠭᠴᠢ ᠬ ∙ ᠨᠢᠮᠪᠠᠭᠠᠲᠤᠷ᠂ ᠨᠡᠶᠢᠰᠯᠡᠯ ᠦᠨ ᠵᠠᠰᠠᠭ ᠳᠠᠷᠤᠭ᠎ᠠ ᠶᠢᠨ ᠡᠳ᠋ ᠍ ᠦᠨ ᠵᠠᠰᠠᠭ᠂ ᠳᠡᠳ᠋ ᠪᠦᠲᠦᠴᠡ ᠶᠢᠨ ᠠᠰᠠᠭᠤᠳᠠᠯ ᠬᠠᠷᠢᠭᠤᠴᠠᠭᠰᠠᠨ ᠨᠢᠭᠡᠳᠦᠭᠡᠷ ᠣᠷᠣᠯᠠᠭᠴᠢ ᠫ ∙ ᠰᠠᠶᠢᠨᠵᠣᠷᠢᠭ ᠨᠠᠷ ᠨᠠᠯᠠᠶᠢᠬᠤ᠂ ᠪᠠᠭᠠᠬᠠᠩᠭᠠᠢ ᠳᠡᠭᠦᠷᠭᠡ ᠶᠢᠨ ᠠᠵᠤ ᠦᠢᠯᠡᠳᠪᠦᠷᠢ ᠶᠢᠨ ᠫᠠᠷᠺ ᠪᠣᠯᠤᠨ 《ᠡᠮᠡᠭᠡᠯᠲᠦ ᠡᠺᠣ ᠠᠵᠤ ᠦᠢᠯᠡᠳᠪᠦᠷᠢ ᠶᠢᠨ ᠫᠠᠷᠺ》 ХК ᠍ ᠦᠨ ᠠᠵᠢᠯ ᠤᠨ ᠶᠠᠪᠤᠴᠠ ᠶᠢ ᠰᠢᠯᠭᠠᠵᠤ᠂ ᠠᠵᠤ ᠠᠬᠤᠢ ᠶᠢᠨ ᠨᠢᠭᠡᠴᠡ ᠨᠦᠭᠦᠳ ᠦᠨ ᠦᠢᠯᠡ ᠠᠵᠢᠯᠯᠠᠭ᠎ᠠ ᠲᠠᠢ ᠲᠠᠨᠢᠯᠴᠠᠯ᠎ᠠ᠃
ᠨᠠᠯᠠᠶᠢᠬᠤ ᠳᠡᠭᠦᠷᠭᠡ ᠶᠢᠨ ᠠᠵᠤ ᠦᠢᠯᠡᠳᠪᠦᠷᠢ ᠶᠢᠨ ᠫᠠᠷᠺ 2019 ᠣᠨ ᠳᠤ ᠠᠰᠢᠭᠯᠠᠯᠲᠠ ᠳᠤ ᠣᠷᠣᠭᠰᠠᠨ᠃ ᠣᠳᠣ ᠶᠢᠨ ᠪᠠᠶᠢᠳᠠᠯ ᠢᠶᠠᠷ ᠭᠤᠷᠪᠠᠨ ᠠᠵᠤ ᠠᠬᠤᠢ ᠶᠢᠨ ᠨᠢᠭᠡᠴᠡ ᠲᠣᠭᠲᠠᠮᠠᠯ ᠦᠢᠯᠡ ᠠᠵᠢᠯᠯᠠᠭ᠎ᠠ ᠶᠠᠪᠤᠭᠤᠯᠵᠤ᠂ ᠨᠠᠶᠢᠮᠠᠨ ᠠᠵᠤ ᠠᠬᠤᠢ ᠶᠢᠨ ᠨᠢᠭᠡᠴᠡ ᠶᠢᠨ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ 80-90 ᠬᠤᠪᠢᠲᠠᠢ ᠦᠷᠭᠦᠯᠵᠢᠯᠡᠨ᠂ 15 ᠠᠵᠤ ᠠᠬᠤᠢ ᠶᠢᠨ ᠨᠢᠭᠡᠴᠡ ᠦᠢᠯᠡ ᠠᠵᠢᠯᠯᠠᠭ᠎ᠠ ᠶᠠᠪᠤᠭᠤᠯᠬᠤ ᠬᠦᠰᠡᠯᠲᠦ ᠪᠡᠨ ᠥᠭᠭᠦᠭᠡᠳ ᠪᠠᠶᠢᠨ᠎ᠠ᠃ ᠲᠤᠬᠠᠢ ᠶᠢᠨ ᠠᠵᠤ ᠠᠬᠤᠢ ᠶᠢᠨ ᠨᠢᠭᠡᠴᠡ ᠨᠦᠭᠦᠳ ᠦᠨ ᠦᠢᠯᠡ ᠠᠵᠢᠯᠯᠠᠭ᠎ᠠ ᠶᠢ ᠡᠨᠡ ᠣᠨ ᠳᠤ ᠪᠠᠭᠲᠠᠭᠠᠨ ᠡᠬᠢᠯᠡᠭᠦᠯᠬᠦ ᠶᠢᠨ ᠲᠤᠯᠠᠳᠠ ᠴᠡᠪᠡᠷᠯᠡᠬᠦ ᠪᠠᠶᠢᠭᠤᠯᠤᠮᠵᠢ᠂ ᠠᠷᠢᠭᠤᠳᠬᠠᠬᠤ ᠲᠠᠲᠠᠭᠤᠷᠭ᠎ᠠ ᠶᠢᠨ ᠠᠰᠠᠭᠤᠳᠠᠯ ᠢ ᠨᠡᠩ ᠲᠦᠷᠦᠭᠦᠨ ᠳᠦ ᠰᠢᠢᠳᠪᠦᠷᠢᠯᠡᠬᠦ ᠱᠠᠭᠠᠷᠳᠠᠯᠭ᠎ᠠ ᠲᠠᠢ ᠪᠠᠶᠢᠭ᠎ᠠ ᠶᠤᠮ᠃
ᠪᠠᠭᠠᠬᠠᠩᠭᠠᠢ ᠳᠡᠭᠦᠷᠭᠡ ᠶᠢᠨ ᠦᠢᠯᠡᠳᠪᠦᠷᠢᠯᠡᠯ᠂ ᠲᠧᠭᠨᠣᠯᠣᠭᠢ ᠶᠢᠨ ᠫᠠᠷᠺ ᠤᠨ 50 ᠭᠠ ᠲᠠᠯᠠᠪᠠᠢ ᠳᠤ ᠬᠥᠩᠭᠡᠨ ᠦᠢᠯᠡᠳᠪᠦᠷᠢᠯᠡᠯ᠂ 60 ᠭᠠ ᠲᠠᠯᠠᠪᠠᠢ ᠳᠤ ᠬᠦᠨᠳᠦ ᠦᠢᠯᠡᠳᠪᠦᠷᠢᠯᠡᠯ ᠶᠠᠪᠤᠭᠤᠯᠬᠤ ᠪᠠᠷ ᠲᠥᠯᠥᠪᠯᠡᠵᠡᠢ᠃ ᠨᠢᠭᠡ ᠠᠵᠤ ᠠᠬᠤᠢ ᠶᠢᠨ ᠨᠢᠭᠡᠴᠡ ᠦᠢᠯᠡᠳᠪᠦᠷᠢ᠂ ᠴᠠᠬᠢᠯᠭᠠᠨ ᠰᠲ᠋ᠠᠨᠼ ᠪᠠᠶᠢᠭᠤᠯᠬᠤ ᠪᠠᠷ ᠠᠵᠢᠯᠯᠠᠵᠤ ᠪᠠᠶᠢᠨ᠎ᠠ᠃ ᠲᠤᠬᠠᠢ ᠶᠢᠨ ᠠᠵᠤ ᠠᠬᠤᠢ ᠶᠢᠨ ᠨᠢᠭᠡᠴᠡ ᠶᠢᠨ ᠵᠦᠭ ᠡᠴᠡ ᠰᠲ᠋ᠠᠨᠼ ᠤᠨ ᠪᠠᠷᠢᠯᠭ᠎ᠠ ᠶᠢᠨ ᠠᠵᠢᠯ ᠡᠬᠢᠯᠡᠮᠡᠭᠴᠡ 20 ᠮᠪᠲ ᠬᠦᠴᠦᠨ ᠴᠢᠳᠠᠯ ᠢ ᠤᠯᠠᠭᠠᠨᠪᠠᠭᠠᠲᠤᠷ ᠬᠣᠲᠠ ᠶᠢᠨ ᠲᠥᠪ ᠦᠨ ᠡᠷᠴᠢᠮ ᠬᠦᠴᠦᠩᠳᠡ ᠨᠡᠶᠢᠯᠡᠭᠦᠯᠬᠦ ᠰᠠᠨᠠᠯ ᠲᠠᠢ ᠪᠠᠶᠢᠭ᠎ᠠ ᠠᠵᠢ᠃ ᠡᠭᠦᠨ ᠦ ᠲᠤᠯᠠᠳᠠ ᠡᠷᠴᠢᠮ ᠬᠦᠴᠦ ᠳᠠᠮᠵᠢᠭᠤᠯᠬᠤ 4.7 ᠺᠢᠯᠣᠮᠧᠲ᠋ᠷ ᠱᠤᠭᠤᠮ ᠤᠨ ᠲᠥᠰᠥᠪ ᠢ ᠰᠢᠢᠳᠪᠦᠷᠢᠯᠡᠭᠦᠯᠬᠦ ᠲᠤᠬᠠᠢ ᠬᠦᠰᠡᠯᠲᠦ ᠪᠡᠨ ᠨᠡᠶᠢᠰᠯᠡᠯ ᠦᠨ ᠤᠳᠤᠷᠢᠳᠤᠯᠭ᠎ᠠ ᠨᠤᠭᠤᠳ ᠲᠤ ᠢᠯᠡᠷᠬᠡᠶᠢᠯᠡᠭᠰᠡᠨ ᠶᠤᠮ