






ᠤᠯᠠᠭᠠᠨᠪᠠᠭᠠᠲᠤᠷ ᠬᠣᠲᠠ ᠶᠢᠨ ᠠᠭᠠᠷ ᠤᠨ ᠪᠣᠬᠢᠷᠳᠠᠯ ᠢ ᠪᠠᠭᠤᠷᠠᠭᠤᠯᠬᠤ ᠵᠣᠷᠢᠯᠲᠠ ᠶᠢᠨ ᠬᠦᠷᠢᠶᠡᠨ ᠳᠦ ᠭᠡᠷ ᠬᠣᠷᠢᠶᠠᠯᠠᠯ ᠤᠨ ᠠᠢᠯ ᠡᠷᠦᠬᠡ᠂ ᠠᠵᠤ ᠠᠬᠤᠢ ᠶᠢᠨ ᠨᠢᠭᠡᠴᠡ ᠪᠠᠢᠭᠤᠯᠤᠯᠭ᠎ᠠ ᠶᠢᠨ ᠫᠢᠰᠢᠩ ᠵᠤᠤᠬ᠎ᠠ᠂ ᠭᠠᠯᠯᠠᠭᠠᠨ ᠤ ᠠᠶᠤᠯ ᠦᠭᠡᠢ ᠪᠠᠢᠳᠠᠯ᠂ ᠤᠭᠠᠷ ᠤᠨ ᠬᠡᠢ ᠶᠢᠨ ᠮᠡᠳᠡᠷᠡᠭᠴᠢ ᠶᠢᠨ ᠬᠡᠪ ᠦᠨ ᠠᠵᠢᠯᠯᠠᠭ᠎ᠠ ᠪᠠᠨ᠂ ᠬᠠᠯᠠᠭᠠᠯᠲᠠ ᠶᠢᠨ ᠵᠤᠤᠬᠠᠨ ᠳᠤ ᠬᠢᠨᠠᠯᠲᠠ ᠰᠢᠯᠭᠠᠯᠲᠠ ᠬᠢᠵᠦ᠂ ᠵᠥᠪᠯᠡᠭᠡ᠂ ᠵᠥᠪᠯᠡᠮᠵᠢ ᠥᠭᠭᠦᠨ᠂ ᠰᠤᠳᠤᠯᠭ᠎ᠠ ᠭᠠᠷᠭᠠᠬᠤ ᠠᠵᠢᠯ ᠢ ᠨᠡᠢᠰᠯᠡᠯ ᠦᠨ ᠬᠡᠮᠵᠢᠶᠡᠨ ᠳᠦ ᠵᠣᠬᠢᠶᠠᠨ ᠪᠠᠢᠭᠤᠯᠤᠨ᠎ᠠ᠃ ᠲᠣᠳᠣᠷᠠᠭᠤᠯᠪᠠᠯ᠂ ᠨᠢᠭᠡᠳᠦᠭᠡᠷ ᠰᠠᠷ᠎ᠠ ᠶᠢᠨ 18᠂ 19 ᠍ ᠦ ᠡᠳᠦᠷ ᠦᠳ ᠲᠦ ᠨᠡᠢᠰᠯᠡᠯ᠂ ᠳᠡᠭᠦᠷᠭᠡ ᠶᠢᠨ ᠨᠤᠲᠤᠭ ᠤᠨ ᠵᠠᠬᠢᠷᠭᠠᠨ ᠤ 9000 ᠭᠠᠷᠤᠢ ᠠᠵᠢᠯᠲᠠᠨ᠂ ᠠᠯᠪᠠᠨ ᠬᠠᠭᠠᠭᠴᠢ ᠬᠢᠨᠠᠯᠲᠠ ᠰᠢᠯᠭᠠᠯᠲᠠ ᠬᠢᠬᠦ ᠶᠤᠮ᠃
ᠳᠡᠭᠡᠷᠡᠬᠢ ᠠᠵᠢᠯ ᠲᠠᠢ ᠬᠣᠯᠪᠣᠭᠳᠠᠭᠤᠯᠤᠨ ᠨᠡᠢᠰᠯᠡᠯ᠂ ᠳᠡᠭᠦᠷᠭᠡ ᠶᠢᠨ ᠣᠨᠴᠠᠭᠠᠢ ᠺᠣᠮᠢᠰ ᠤᠨ ᠰᠢᠭᠤᠷᠬᠠᠢ ᠱᠲ᠋ᠠᠪ ᠤᠨ ᠬᠠᠮᠲᠤᠷᠠᠭᠰᠠᠨ ᠬᠤᠷᠠᠯ ᠢ ᠵᠣᠬᠢᠶᠠᠨ ᠪᠠᠢᠭᠤᠯᠤᠯ᠎ᠠ᠃ ᠡᠨᠡ ᠦᠶ᠎ᠡ ᠪᠡᠷ ᠬᠢᠨᠠᠯᠲᠠ ᠰᠢᠯᠭᠠᠯᠲᠠ ᠪᠣᠯᠤᠨ ᠰᠤᠳᠤᠯᠭ᠎ᠠ ᠭᠠᠷᠭᠠᠬᠤ ᠠᠵᠢᠯ ᠤᠨ ᠵᠣᠬᠢᠶᠠᠨ ᠪᠠᠢᠭᠤᠯᠤᠯᠲᠠ ᠶᠢᠨ ᠲᠠᠯ᠎ᠠ ᠪᠠᠷ ᠬᠡᠯᠡᠯᠴᠡᠵᠦ᠂ ᠨᠡᠢᠰᠯᠡᠯ ᠦᠨ ᠣᠨᠴᠠᠭᠠᠢ ᠺᠣᠮᠢᠰ ᠠᠴᠠ ᠬᠣᠯᠪᠣᠭᠳᠠᠬᠤ ᠡᠭᠦᠷᠭᠡ ᠴᠢᠭᠯᠡᠯ ᠥᠭᠪᠡ᠃