ᠳᠡᢉᠦᠷᢉᠡ ᠳ᠋ᠦ ᠨᠡᠶᠢᠲᠡ ᠶ᠋ᠢᠨ ᠲᠡᢉᠡᢉᠡᠪᠦᠷᠢ ᠶ᠋ᠢᠨ ᠦᠢᠯᠡᠴᠢᠯᠡᢉᠡ ᠨᠡᠪᠲᠡᠷᠡᢉᠦᠯᢈᠦ ᠲᠡᠢ ᠬᠣᠯᠪᠤᠭᠳᠠᠭᠤᠯᠤᠨ ᠳᠡᢉᠦᠷᢉᠡ ᠶ᠋ᠢᠨ ᠤᠳᠤᠷᠢᠳᠤᠯᠭ᠎ᠠ ᠨᠤᠭᠤᠳ ᠬᠤᠪᠢ ᠪᠠᠷ ᠢ᠋ᠶᠠᠨ ᠲᠠᠻᠰᠢ ᠦᠢᠯᠡᠴᠢᠯᠡᢉᠡ ᠡᠷᢈᠢᠯᠡᢉᠴᠢ ᠢᠷᢉᠡᠳ ᠦ᠋ᠨ ᠲᠥᠯᠦᢉᠡᠯᠡᠯ ᠲᠡᠢ ᠠᠭᠤᠯᠵᠠᠯᠲᠠ ᢈᠢᠯ᠎ᠡ᠃

ᠲᠤᠰᠠ ᠠᠭᠤᠯᠵᠠᠯᠲᠠ ᠪᠠᠷ ᠵᠢᠳᠲᠦ-ᠰᠤ ᢈᠥᠳᠡᠯᠮᠦᠷᠢ᠂ ᠬᠠᠯᠠᠮᠵᠢ ᠶ᠋ᠢᠨ ᠦᠢᠯᠡᠴᠢᠯᠡᢉᠡᠨ ᠦ᠋ ᢈᠡᠯᠲᠡᠰ ᠲᠦ ᠪᠦᠷᠢᠳᢈᠡᠯ ᠲᠡᠢ ᠪᠠᠶᠢᠭ᠎ᠠ ᠠᠵᠢᠯ ᠮᠡᠷᢉᠡᠵᠢᠯ ᠪᠣᠯᠤᠨ ᠲᠤᠰᠬᠠᠢ ᠰᠢᠯᠭᠠᠭᠤᠷ ᠱᠠᠭᠠᠷᠳᠠᠬᠤ ᠦᢉᠡᠢ ᠒᠐ ᠣᠷᠴᠢᠮ ᠨᠡᢉᠡᢉᠡᠯᠲᠡᠲᠡᠢ ᠠᠵᠢᠯ ᠤ᠋ᠨ ᠪᠠᠶᠢᠷᠢᠨ ᠳ᠋ᠤ ᠲᠠᠻᠰᠢ ᠦᠢᠯᠡᠴᠢᠯᠡᢉᠡ ᠡᠷᢈᠢᠯᠡᢉᠴᠢ ᠢᠷᢉᠡᠳ ᠠᠵᠢᠯᠯᠠᠬᠤ ᠪᠣᠯᠤᠮᠵᠢ ᠲᠠᠢ ᠪᠣᠯᠬᠤ ᠶ᠋ᠢ ᠰᠠᠨᠠᠯ ᠪᠣᠯᠭᠠᠵᠤ᠂ᠲᠡᠳᠡᢉᠡᠷ ᠢᠷᢉᠡᠳ ᠦ᠋ᠨ ᠭᠠᠷᠭᠠᠭᠰᠠᠨ ᠰᠠᠨᠠᠯ ᢈᠦᠰᠡᠯᠲᠡ ᠶ᠋ᠢ ᠰᠣᠨᠤᠰᠴᠤ ᠵᠠᠷᠢᠮ ᠠᠰᠠᠭᠤᠳᠠᠯ ᠢ᠋ ᠰᠤᠳᠤᠯᠵᠤ ᠬᠠᠷᠢᠭᠤ ᠥᢉᢈᠦ ᠪᠡᠷ ᠪᠣᠯᠤᠯ᠎ᠠ᠃