






ᠲᠣᠳᠤᠷᠠᠭᠤᠯᠪᠠᠯ᠂ ᠨᠵᠠᠳᠠᠳᠬ ᠲᠤᠰ ᠰᠤᠷᠭᠠᠭᠤᠯᠢ ᠲᠠᠢ ᠒᠐᠒᠓ ᠣᠨ ᠤ᠋ ᠑᠐ ᠳ᠋᠋ᠤᠭᠠᠷ ᠰᠠᠷᠠ ᠳ᠋ᠤ ᠬᠠᠷᠢᠯᠴᠠᠨ ᠣᠶᠢᠯᠠᠭᠠᠯᠴᠠᠯ ᠤ᠋ᠨ ᠰᠠᠨᠠᠮᠵᠢ ᠪᠢᠴᠢᢉ ᠪᠠᠶᠢᠭᠤᠯᠵᠤ᠂ ᠤᠯᠠᠭᠠᠨᠪᠠᠭᠠᠲᠤᠷ ᠬᠣᠲᠠ ᠶ᠋ᠢᠨ ᠲᠥᠷᠦ ᠶ᠋ᠢᠨ ᠠᠯᠪᠠᠨ ᠬᠠᠭᠠᠭᠴᠢᠳ ᠤ᠋ᠨ ᠪᠣᠯᠪᠠᠰᠤᠷᠠᠯ᠂ ᠮᠡᠷᢉᠡᠵᠢᠯ ᠳᠡᢉᠡᢉᠰᠢᠯᠡᢉᠦᠯᢈᠦ ᢈᠥᠲᠦᠯᠪᠦᠷᠢ ᠶ᠋ᠢ ᢈᠡᠷᠡᢉᠵᠢᢉᠦᠯᠵᠦ ᠪᠠᠶᠢᠪᠠ᠃ ᠲᠡᢉᠡᠪᠡᠯ ᠥᠨᠦᠳᠦᠷ ᠬᠠᠮᠲᠤ ᠶ᠋ᠢᠨ ᠠᠵᠢᠯᠯᠠᠭᠠ ᠪᠠᠨ ᠥᠷᢉᠡᠵᠢᢉᠦᠯᠵᠦ᠂ ᠳᠡᢉᠦᠷᢉᠡ ᠨᠦ᠋ᢉᠦᠳ ᠲᠡᠢ ᠪᠣᠯᠪᠠᠰᠤᠷᠠᠯ᠂ ᠰᠤᠳᠤᠯᠭᠠ᠂ ᠴᠢᠳᠠᠪᢈᠢ᠂ ᠵᠠᠰᠠᠭᠯᠠᠯ᠂ ᠲᠧᠻᠨᠣᠯᠣᢉᠢ ᠶ᠋ᠢᠨ ᠰᠠᠯᠪᠤᠷᠢ ᠳ᠋ᠤ ᠬᠠᠮᠲᠤᠷᠠᠨ ᠠᠵᠢᠯᠯᠠᠬᠤ ᠪᠠᠷ ᠪᠣᠯᠤᠯᠠ᠃
ᠡᠨᠡ ᢈᠦ ᠬᠠᠮᠲᠤ ᠶ᠋ᠢᠨ ᠠᠵᠢᠯᠯᠠᠭᠠᠨ ᠤ᠋ ᢉᠡᠷᠡ ᠶ᠋ᠢ ᠪᠠᠶᠢᠭᠤᠯᠤᠭᠰᠠᠨ ᠢ᠋ᠶᠠᠷ ᠰᠣᠶᠤᠯ ᠤ᠋ᠨ ᠠᠷᠭᠠ ᢈᠡᠮᠵᠢᠶᠡ᠂ ᠬᠤᠷᠠᠯ᠂ ᠣᠶᠤᠲᠠᠨ ᠰᠣᠯᠢᠯᠴᠠᠭᠠᠨ ᠤ᠋ ᢈᠥᠲᠦᠯᠪᠦᠷᠢ ᠨᠦ᠋ᢉᠦᠳ ᠢ᠋ ᠵᠣᢈᠢᠶᠠᠨ ᠪᠠᠶᠢᠭᠤᠯᠬᠤ᠂ ᠤᠯᠠᠭᠠᠨᠪᠠᠭᠠᠲᠤᠷ ᠬᠣᠲᠠ ᠶ᠋ᠢᠨ ᠬᠣᠲᠠ ᠶ᠋ᠢᠨ ᠵᠠᠰᠠᠭᠯᠠᠯ᠂ ᠦᠢᠯᠡᠴᠢᠯᠡᢉᠡ ᠶ᠋ᠢ ᠰᠠᠶᠢᠵᠢᠷᠠᠭᠤᠯᠬᠤ ᠳ᠋ᠤ ᠤᠬᠠᠭᠠᠯᠢᠭ ᠬᠣᠲᠠ ᠶ᠋ᠢᠨ ᠲᠧᠻᠨᠣᠯᠣᢉᠢ ᠶ᠋ᠢ ᠨᠢᢉᠡᠳᢈᠡᢉᠰᠡᠨ ᠲᠥᠰᠦᠯ ᠦ᠋ᠳ ᠲᠦ ᠬᠠᠮᠲᠤᠷᠠᠬᠤ᠂ᠬᠣᠲᠠ ᠶ᠋ᠢᠨ ᢈᠥᢉᠵᠢᠯ᠂ ᠵᠠᠰᠠᠭᠯᠠᠯ᠂ ᠤᠬᠠᠭᠠᠯᠢᠭ ᠬᠣᠲᠠ ᠶ᠋ᠢᠨ ᠰᠢᠢᠳᠦᠯ᠂ ᠲᠥᠷᠦ ᠶ᠋ᠢᠨ ᠤᠳᠤᠷᠢᠳᠤᠯᠭᠠ ᠶ᠋ᠢᠨ ᠴᠢᢉᠯᠡᠯ ᠢ᠋ᠶᠡᠷ ᠬᠠᠮᠲᠤᠷᠠᠭᠰᠠᠨ ᠰᠤᠳᠤᠯᠭᠠ ᢈᠢᢈᠦ᠂ ᠨᠡᠶᠢᠰᠯᠡᠯ ᠦ᠋ᠨ ᠵᠠᠰᠠᠭ ᠳᠠᠷᠤᠭᠠ ᠶ᠋ᠢᠨ ᠲᠠᠮᠠᠭᠠ ᠶ᠋ᠢᠨ ᠭᠠᠵᠠᠷ ᠪᠣᠯᠤᠨ ᠨᠤᠲᠤᠭ ᠤ᠋ᠨ ᠵᠠᢈᠢᠷᠭᠠᠨ ᠤ᠋ ᠪᠠᠶᠢᠭᠤᠯᠤᠯᠭᠠ ᠨᠤᠭᠤᠳ ᠤ᠋ᠨ ᠲᠥᠷᠦ ᠶ᠋ᠢᠨ ᠠᠯᠪᠠᠨ ᠬᠠᠭᠠᠭᠴᠢᠳ ᠢ᠋ ᠵᠠᠢ ᠠ᠋ᠴᠠ ᠰᠤᠷᠤᠯᠴᠠᠬᠤ ᠪᠣᠯᠤᠮᠵᠢ ᠪᠠᠷ ᠬᠠᠩᠭᠠᠬᠤ ᠴᠠᢈᠢᠮ ᢈᠦᠷᠰ᠂ ᠪᠣᠯᠪᠠᠰᠤᠷᠠᠯ ᠤ᠋ᠨ ᠫᠯᠠᠲ᠋ᠹᠣᠷᠮ ᠢ᠋ ᢈᠥᢉᠵᠢᢉᠦᠯᢈᠦ ᠵᠡᠷᢉᠡ ᠪᠣᠯᠤᠮᠵᠢ ᠪᠦᠷᠢᠳᠴᠦ ᠪᠠᠶᠢᠨᠠ᠃